x

ᠤᠯᠤᠰ ᠲᠥᠷᠥ ᠮᠣᠩᠭᠣᠯ᠂ ᠶᠠᠫᠣᠨ ᠤ ᠬᠢᠨ ᠦ ᠵᠥᠪᠯᠡᠯᠳᠦᠬᠦ ᠠᠭᠤᠯᠵᠠᠯᠲᠠ ᠪᠣᠯᠪᠠ

ᠮᠣᠩᠭᠣᠯ ᠤᠯᠤᠰ᠂ ᠶᠠᠫᠣᠨ ᠤᠯᠤᠰ ᠤᠨ ᠭᠠᠳᠠᠭᠠᠳᠤ ᠬᠠᠷᠢᠯᠴᠠᠭ᠎ᠠ᠂ ᠠᠶᠤᠯᠭᠦᠢ ᠪᠠᠶᠢᠳᠠᠯ᠂ ᠪᠠᠲᠤᠯᠠᠨ ᠬᠠᠮᠠᠭᠠᠯᠠᠬᠤ ᠠᠰᠠᠭᠤᠳᠠᠯ ᠡᠷᠬᠢᠯᠡᠭᠰᠡᠨ ᠪᠠᠶᠢᠭᠤᠯᠤᠯᠭ᠎ᠠ ᠬᠣᠭᠣᠷᠣᠨᠳᠣ ᠶᠢᠨ ᠵᠢᠷᠭᠤᠳᠤᠭᠠᠷ ᠵᠥᠪᠯᠡᠯᠳᠦᠬᠦ ᠠᠭᠤᠯᠵᠠᠯᠲᠠ ᠡᠨᠡ ᠰᠠᠷ᠎ᠠ ᠶᠢᠨ ᠲᠠᠪᠤᠨ ᠳᠦ ᠤᠯᠠᠭᠠᠨᠪᠠᠭᠠᠲᠤᠷ ᠬᠤᠲᠠᠨ᠎ᠠ ᠪᠣᠯᠪᠠ᠃

ᠠᠭᠤᠯᠵᠠᠯᠲᠠ ᠪᠠᠷ ᠲᠠᠯ᠎ᠠ ᠨᠤᠭᠤᠳ ᠪᠥᠰᠡ ᠨᠤᠲᠤᠭ ᠤᠨ ᠠᠶᠤᠯᠭᠦᠢ ᠪᠠᠶᠢᠳᠠᠯ ᠤᠨ ᠬᠠᠷᠢᠯᠴᠠᠨ ᠰᠣᠨᠢᠷᠬᠠᠭᠰᠠᠨ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠵᠤ᠂ ᠲᠤᠰ ᠲᠤᠰ ᠤᠨ ᠪᠠᠶᠢᠷᠢ ᠰᠠᠭᠤᠷᠢ ᠪᠠᠨ ᠲᠠᠨᠢᠯᠴᠠᠭᠤᠯᠪᠠ᠃ ᠡᠨᠡ ᠬᠦᠷᠢᠶᠡᠨ ᠳᠦ ᠬᠣᠶᠠᠷ ᠲᠠᠯ᠎ᠠ ᠭᠠᠳᠠᠭᠠᠳᠤ ᠪᠣᠳᠣᠯᠭ᠎ᠠ᠂ ᠠᠶᠤᠯᠭᠦᠢ ᠪᠠᠶᠢᠳᠠᠯ᠂ ᠪᠠᠲᠤᠯᠠᠨ ᠬᠠᠮᠠᠭᠠᠯᠠᠬᠤ ᠰᠠᠯᠪᠤᠷᠢ ᠳᠤ ᠶᠠᠪᠤᠭᠤᠯᠵᠤ ᠪᠤᠢ ᠪᠣᠳᠣᠯᠭ᠎ᠠ᠂ ᠦᠢᠯᠡ ᠠᠵᠢᠯᠯᠠᠭᠠᠨ ᠤ ᠲᠠᠯ᠎ᠠ ᠪᠠᠷ ᠬᠠᠷᠢᠯᠴᠠᠨ ᠮᠡᠳᠡᠭᠡᠯᠡᠯ ᠰᠣᠯᠢᠯᠴᠠᠵᠤ᠂ ᠬᠣᠶᠠᠷ ᠤᠯᠤᠰ ᠤᠨ ᠠᠶᠤᠯᠭᠦᠢ ᠪᠠᠶᠢᠳᠠᠯ ᠤᠨ ᠰᠠᠯᠪᠤᠷᠢ ᠳ᠋ᠡᠬᠢ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠴᠢᠨᠠᠭᠰᠢᠳᠠ ᠶᠢᠨ ᠲᠥᠯᠥᠪ ᠢ ᠬᠡᠯᠡᠯᠴᠡᠪᠡ᠃

ᠲᠠᠯ᠎ᠠ  ᠨᠤᠭᠤᠳ ᠬᠥᠭᠵᠢᠯ ᠴᠡᠴᠡᠭᠯᠡᠯᠲᠡ ᠶᠢᠨ ᠲᠥᠯᠦᠭᠡᠬᠢ ᠡᠩᠬᠡ ᠶᠢ ᠡᠷᠬᠢᠮᠯᠡᠭᠰᠡᠨ ᠦᠵᠡᠯ ᠰᠠᠨᠠᠭᠠᠨ ᠤ ᠬᠦᠷᠢᠶᠡᠨ ᠳᠦ 《ᠡᠩᠬᠡ ᠲᠠᠶᠢᠪᠤᠩ᠂ ᠬᠥᠭᠵᠢᠯ ᠴᠡᠴᠡᠭᠯᠡᠯᠲᠡ ᠶᠢᠨ ᠲᠥᠯᠦᠭᠡᠬᠢ ᠲᠤᠰᠬᠠᠢ ᠰᠲᠷᠠᠲ᠋ᠧᠭᠢ ᠶᠢᠨ ᠲᠦᠩᠰᠢᠯᠡᠯ》  ᠦᠨ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ ᠪᠤᠢ  ᠪᠠᠨ ᠨᠣᠲᠠᠯᠠᠵᠤ᠂ ᠡᠨᠡ ᠬᠦ ᠦᠷ᠎ᠡ ᠪᠦᠲᠦᠭᠡᠯ ᠲᠡᠢ ᠬᠠᠮᠲᠤ ᠶᠢᠨ ᠠᠵᠢᠯᠯᠠᠭ᠎ᠠ ᠪᠠᠨ ᠦᠷᠭᠦᠯᠵᠢᠯᠡᠭᠦᠯᠦᠨ ᠬᠥᠭᠵᠢᠭᠦᠯᠬᠦ ᠪᠡᠷ ᠲᠣᠭᠲᠠᠪᠠ᠃