x

ᠪᠠᠭ᠎ᠠ ᠰᠤᠷᠭᠠᠭᠤᠯᠢ᠂ ᠴᠡᠴᠡᠷᠯᠢᢉ ᠦ᠋ᠨ ᠴᠣᠭᠴᠠᠯᠠᠪᠤᠷᠢ ᠠᠰᠢᠭᠯᠠᠯᠲᠠ ᠳ᠋ᠤ ᠣᠷᠤᠬᠤ ᠳ᠋ᠤ ᠪᠡᠯᠡᠨ ᠪᠣᠯᠤᠯᠤᠭ᠎ᠠ

ᠪᠠᠭ᠎ᠠ ᠰᠤᠷᠭᠠᠭᠤᠯᠢ᠂ ᠴᠡᠴᠡᠷᠯᠢᢉ ᠦ᠋ᠨ ᠴᠣᠭᠴᠠᠯᠠᠪᠤᠷᠢ ᠠᠰᠢᠭᠯᠠᠯᠲᠠ ᠳ᠋ᠤ ᠣᠷᠤᠬᠤ ᠳ᠋ᠤ ᠪᠡᠯᠡᠨ ᠪᠣᠯᠤᠯᠤᠭ᠎ᠠ ᠬᠠᠨ-ᠠᠭᠤᠯᠠ ᠳᠡᢉᠦᠷᢉᠡ ᠶ᠋ᠢᠨ ᠑᠔ ᠳ᠋᠋ᠦ᠋ᢉᠡᠷ ᠬᠣᠷᠢᠶᠠᠨ ᠳ᠋ᠤ ᠒᠘᠐ ᢈᠡᠦᢈᠡᠳ ᠦ᠋ᠨ ᢈᠦᠴᠦᠨ ᠴᠢᠳᠠᠯᠲᠠᠢ ᠪᠠᠭ᠎ᠠ ᠰᠤᠷᠭᠠᠭᠤᠯᠢ᠂ ᠴᠡᠴᠡᠷᠯᠢᢉ ᠦ᠋ᠨ ᠴᠣᠭᠴᠠᠯᠠᠪᠤᠷᠢ ᠶ᠋ᠢᠨ ᠪᠠᠷᠢᠯᠭ᠎ᠠ ᠶ᠋ᠢᠨ ᠠᠵᠢᠯ ᠳᠠᠭᠤᠰᠴᠤ ᠠᠰᠢᠭᠯᠠᠯᠲᠠ ᠳ᠋ᠤ ᠣᠷᠤᠬᠤ ᠳ᠋ᠤ ᠪᠡᠯᠡᠨ ᠪᠣᠯᠤᠯ᠎ᠠ᠃ ᠲᠤᠰ ᠬᠣᠷᠢᠶᠠᠨ ᠳ᠋ᠠᢈᠢ ᠰᠤᠷᠭᠠᠭᠤᠯᠢ ᠴᠡᠴᠡᠷᠯᠢᢉ ᠦ᠋ᠨ ᢈᠦᠷᠲᠡᢉᠡᠮᠵᠢ ᠶ᠋ᠢ ᠰᠠᠶᠢᠵᠢᠷᠠᠭᠤᠯᠬᠤ ᠵᠣᠷᠢᠯᠭ᠎ᠠ ᠪᠠᠷ ᢉᠦᠢᠴᠡᠳᢈᠡᢉᠳᠡᢉᠰᠡᠨ ᠡᠨᠡ ᢈᠦ ᠴᠣᠭᠴᠠᠯᠠᠪᠤᠷᠢ ᠨᠢ ᠪᠦᠯᠦᢉ ᠦ᠋ᠨ ᠥᠷᠦᢉᠡ᠂ ᠪᠠᠭᠰᠢ ᠨᠠᠷ ᠤ᠋ᠨ ᠥᠷᠦᢉᠡ᠂ ᠰᠫᠣᠷᠲ ᠽᠠᠯ᠂ ᠡᠮᠴᠢ ᠶ᠋ᠢᠨ ᠥᠷᠦᢉᠡ᠂ ᠬᠤᠪᠴᠠᠰᠤ ᠰᠣᠯᠢᠬᠤ ᠥᠷᠦᢉᠡ᠂ ᠭᠠᠯ ᠲᠣᠭᠤᠭ᠎ᠠ᠂ ᠠᠷᠢᠭᠤᠨ ᠴᠡᠪᠡᠷ ᠦ᠋ᠨ ᠥᠷᠦᢉᠡ ᠪᠣᠯᠤᠨ ᠪᠤᠰᠤᠳ ᠥᠷᠦᢉᠡ ᠲᠠᠰᠤᠯᠭᠠᠨ ᠤ᠋ᠳ ᠠ᠋ᠴᠠ ᠪᠦᠷᠢᠳᠦᢉᠰᠡᠨ ᠵᠣᢈᠢᠶᠠᠨ ᠪᠠᠶᠢᠭᠤᠯᠤᠯᠲᠠ ᠲᠠᠢ᠃ ᠵᠣᠭᠤᠷᠢ ᠦᢉᠡᠢ ᠒ ᠳᠠᠪᠬᠤᠷ ᠲᠤᠰ ᠪᠠᠷᠢᠯᠭ᠎ᠠ ᠶ᠋ᠢ ᠨᠡᠶᠢᠰᠯᠡᠯ ᠦ᠋ᠨ ᠲᠥᠰᠦᠪ ᠦ᠋ᠨ ᢈᠥᠷᠦᠩᢉᠡ ᠪᠡᠷ ”ᢈᠥᢈᠦᠢ ᠬᠠᠨ ᢈᠢᠻ” ᢉᠦᠢᠴᠡᠳᢈᠡᠵᠦ᠂ ᠨᠡᠶᠢᠰᠯᠡᠯ ᠦ᠋ᠨ ᢈᠥᠷᠦᠩᢉᠡ ᠣᠷᠤᠭᠤᠯᠤᠯᠲᠠ ᠶ᠋ᠢᠨ ᠭᠠᠵᠠᠷ ᠵᠠᢈᠢᠶᠠᠯᠠᠭᠴᠢ ᠶ᠋ᠢᠨ ᠲᠧᠻᠨᠢᢉ ᠦ᠋ᠨ ᢈᠢᠨᠠᠯᠲᠠ ᠶ᠋ᠢ ᢈᠡᠷᠡᢉᠵᠢᢉᠦᠯᠦᠨ ᠠᠵᠢᠯᠯᠠᠯ᠎ᠠ᠃