x

᠓᠒᠐ ᢈᠡᠦᢈᠡᠳ ᠦ᠋ᠨ ᠰᠠᠭᠤᠳᠠᠯᠲᠠᠢ ᠰᠤᠷᠭᠠᠭᠤᠯᠢ ᠶ᠋ᠢᠨ ᠪᠠᠷᠢᠯᠭ᠎ᠠ ᠪᠠᠷᠢᠭᠳᠠᠵᠤ ᠪᠠᠶᠢᠨ᠎ᠠ

ᠰᠦᢈᠡᠪᠠᠭᠠᠲᠤᠷ ᠳᠡᢉᠦᠷᢉᠡ ᠶ᠋ᠢᠨ ᠑᠖ ᠳ᠋ᠤᠭᠠᠷ ᠬᠣᠷᠢᠶᠠᠨ ᠳ᠋ᠤ ᠪᠣᠯᠪᠠᠰᠤᠷᠠᠯ ᠤ᠋ᠨ ᢈᠦᠷᠲᠡᢉᠡᠮᠵᠢ ᠶ᠋ᠢ ᠨᠡᠮᠡᢉᠳᠡᢉᠦᠯᠵᠦ

ᢈᠡᠦᢈᠡᠳ ᠪᠠᠭᠠᠴᠤᠳ ᠢ᠋ ᢉᠡᠷ ᠲᠦ ᠪᠡᠨ ᠣᠶᠢᠷ᠎ᠠ᠂ ᠠᠶ᠎ᠠ ᠲᠤᠬᠠᠲᠠᠢ ᠣᠷᠴᠢᠨ ᠳ᠋ᠤ ᠰᠤᠷᠴᠤ ᠪᠣᠯᠪᠠᠰᠤᠷᠠᠬᠤ

ᠨᠥᢈᠦᠴᠡᠯ ᠢ᠋ᠶᠡᠷ ᠬᠠᠩᠭᠠᠬᠤ ᠵᠣᠷᠢᠯᠭ᠎ᠠ ᠪᠠᠷ ᠓᠒᠐ ᢈᠡᠦᢈᠡᠳ ᠦ᠋ᠨ ᠰᠠᠭᠤᠳᠠᠯ ᠲᠠᠢ ᠶᠡᠷᠦᠩᢈᠡᠢ ᠪᠣᠯᠪᠠᠰᠤᠷᠠᠯ ᠤ᠋ᠨ

ᠰᠤᠷᠭᠠᠭᠤᠯᠢ ᠶ᠋ᠢᠨ ᠪᠠᠷᠢᠯᠭ᠎ᠠ ᠪᠠᠷᠢᠭᠳᠠᠵᠤ ᠪᠠᠶᠢᠨ᠎ᠠ᠃ ᠲᠤᠰ ᠰᠤᠷᠭᠠᠭᠤᠯᠢ ᠶ᠋ᠢᠨ ᠪᠠᠷᠢᠯᠭ᠎ᠠ ᠶ᠋ᠢ ᠒᠐᠑᠙ ᠣᠨ ᠳ᠋ᠤ

ᠤᠯᠤᠰ ᠤ᠋ᠨ ᠲᠥᠰᠦᠪ ᠦ᠋ᠨ ᢈᠥᠷᠦᠩᢉᠡ ᠣᠷᠤᠭᠤᠯᠤᠯᠲᠠ ᠪᠠᠷ ᢉᠦᠶᠢᠴᠡᠳᢈᠡᠵᠦ ᠡᢈᠢᠯᠡᢉᠰᠡᠨ ᠴᠦ ᠰᠤᠷᠭᠠᠭᠤᠯᠢ ᠶ᠋ᠢᠨ

ᠪᠠᠷᠢᠯᠭ᠎ᠠ ᠶ᠋ᠢᠨ ᠠᠵᠢᠯ ᠤᠳᠠᠭᠠᠰᠢᠷᠠᠯᠲᠠᠢ ᠶᠠᠪᠤᠭᠳᠠᠵᠢ᠂ᠲᠥᠰᠦᠯ ᢈᠡᠷᠡᢉᠵᠢᢉᠦᠯᠦᢉᠴᠢ ᠻᠣᠮᠫᠠᠨᠢ ᠪᠠᠷᠢᠯᠭ᠎ᠠ

ᠤᠭᠰᠠᠷᠠᠯᠲᠠ ᠶ᠋ᠢᠨ ᠠᠵᠢᠯ ᠢ᠋ ᠵᠣᠭᠰᠤᠭᠠᠭᠰᠠᠨ ᠲᠤᠯᠠ ᠒᠐᠒᠖ ᠣᠨ ᠳ᠋ᠤ ᢉᠦᠶᠢᠴᠡᠳᢈᠡᢉᠴᠢ ᠶ᠋ᠢ ᠳᠠᢈᠢᠨ

ᠰᠣᠩᠭᠤᠨ ᠰᠢᠯᠭᠠᠷᠠᠭᠤᠯᠵᠤ ᠪᠠᠷᠢᠯᠭ᠎ᠠ ᠤᠭᠰᠠᠷᠠᠯᠲᠠ ᠶ᠋ᠢᠨ ᠠᠵᠢᠯ ᠢ᠋ ᠡᢈᠢᠯᠡᢉᠦᠯᠦᢉᠰᠡᠨ᠃